MN
Хаах
MN

ᠲᠥᠷᠦ᠂ ᠨᠡᠶᠢᠲᠡ ᠶ᠋ᠢᠨ ᠠᠰᠢᠭ ᠰᠣᠨᠢᠷᠬᠠᠯ ᠢ᠋ ᠬᠠᠮᠠᠭᠠᠯᠠᠬᠤ ᠳ᠋ᠤ ᠬᠠᠮᠲᠤᠷᠠᠨ ᠠᠵᠢᠯᠯᠠᠨ᠎ᠠ

A- A A+
ᠲᠥᠷᠦ᠂ ᠨᠡᠶᠢᠲᠡ ᠶ᠋ᠢᠨ ᠠᠰᠢᠭ ᠰᠣᠨᠢᠷᠬᠠᠯ ᠢ᠋ ᠬᠠᠮᠠᠭᠠᠯᠠᠬᠤ ᠳ᠋ᠤ ᠬᠠᠮᠲᠤᠷᠠᠨ ᠠᠵᠢᠯᠯᠠᠨ᠎ᠠ

ᠳᠣᠷᠤᠨᠠᠭᠤᠪᠢ ᠠᠶᠢᠮᠠᠭ ᠤ᠋ᠨ ᠵᠠᠮ ᠤ᠋ᠨ-ᠡᢉᠦᠳᠡ ᠰᠤᠮᠤ ᠳ᠋ᠠᢈᠢ ᠰᠤᠮᠤ ᠳᠤᠮᠳᠠ ᠶ᠋ᠢᠨ ᠫᠷᠣᠻᠦ᠋ᠷᠣᠷ ᠤ᠋ᠨ ᠭᠠᠵᠠᠷ ᠠ᠋ᠴᠠ ᠲᠥᠷᠦ᠂ᠨᠡᠶᠢᠲᠡ ᠶ᠋ᠢᠨ ᠠᠰᠢᠭ ᠰᠣᠨᠢᠷᠬᠠᠯ ᠢ᠋ ᠬᠠᠮᠠᠭᠠᠯᠠᠬᠤ ᠳ᠋ᠤ ᠲᠥᠷᠦ ᠶ᠋ᠢᠨ ᠪᠠᠶᠢᠭᠤᠯᠤᠯᠭ᠎ᠠ ᠶ᠋ᠢᠨ ᠢᠳᠡᠪᢈᠢ᠂ ᠣᠷᠤᠯᠴᠠᠭ᠎ᠠ ᠶ᠋ᠢ ᠨᠡᠮᠡᢉᠳᠡᢉᠦᠯᢈᠦ᠂ ᠠᠯᠪᠠᠨ ᠬᠠᠭᠠᠭᠴᠢᠳ ᠲᠤ ᠬᠠᠤᠯᠢ᠂ ᠡᠷᢈᠡ ᠵᠦᠢ ᠶ᠋ᠢᠨ ᠵᠣᢈᠢᠴᠠᠭᠤᠯᠤᠯᠲᠠ ᠶ᠋ᠢᠨ ᠲᠠᠯᠠᠭᠠᠷ ᠮᠡᠳᠡᢉᠡᠯᠡᠯ ᠥᢉᠴᠦ᠂ ᠬᠠᠤᠯᠢ ᠲᠣᠭᠲᠠᠭᠠᠮᠵᠢ ᠶ᠋ᠢᠨ ᢈᠡᠷᠡᢉᠵᠢᠯᠲᠡ ᠶ᠋ᠢ ᠬᠠᠩᠭᠠᠬᠤ ᠴᠢᢉᠯᠡᠯ ᠢ᠋ᠶᠡᠷ “ᠲᠥᠷᠦ᠂ ᠨᠡᠶᠢᠲᠡ ᠶ᠋ᠢᠨ ᠠᠰᠢᠭ ᠰᠣᠨᠢᠷᠬᠠᠯ ᠢ᠋ ᠬᠠᠮᠠᠭᠠᠯᠠᠬᠤ ᠳ᠋ᠤ ᠲᠥᠷᠦ ᠶ᠋ᠢᠨ ᠪᠠᠶᠢᠭᠤᠯᠤᠯᠭ᠎ᠠ ᠶ᠋ᠢᠨ ᠣᠷᠤᠯᠴᠠᠭ᠎ᠠ” ᠰᠡᠳᠦᠪᠲᠦ ᢈᠡᠯᠡᠯᠴᠡᢉᠦᠯᢉᠡ ᠶ᠋ᠢ ᠵᠣᢈᠢᠶᠠᠨ ᠪᠠᠶᠢᠭᠤᠯᠤᠯ᠎ᠠ᠃  ᢈᠡᠯᠡᠯᠴᠡᢉᠦᠯᢉᠡ ᠳ᠋ᠦ ᠲᠤᠰ ᠰᠤᠮᠤ ᠳ᠋ᠠᢈᠢ ᠭᠠᠶᠢᠯᠢ ᠶ᠋ᠢᠨ ᠭᠠᠵᠠᠷ᠂ ᠰᠢᢉᠦᢈᠦ ᠶ᠋ᠢᠨ ᠰᠢᠢᠳᠪᠦᠷᠢ ᢉᠦᠢᠴᠡᠳᢈᠡᢈᠦ ᢈᠡᠯᠲᠡᠰ᠂ ᠡᠷᠡᢉᠦᠯ ᠮᠡᠨᠳᠦ ᠶ᠋ᠢᠨ ᠭᠠᠵᠠᠷ᠂ ᠨᠡᠶᠢᢉᠡᠮ ᠦ᠋ᠨ ᠳᠠᠭᠠᠳᠬᠠᠯ ᠤ᠋ᠨ ᠲᠠᠰᠤᠭ᠂ ᠲᠠᠲᠠᠪᠤᠷᠢ ᠶ᠋ᠢᠨ ᠲᠠᠰᠤᠭ᠂ᠵᠠᠮ ᠤ᠋ᠨ-ᠡᢉᠦᠳᠡ ᠶ᠋ᠢᠨ ᠳᠤᠯᠠᠭᠠᠨ ᠤ᠋ ᠰᠲ᠋ᠠᠨ᠋ᠼᠢ ᠲᠡᢉᠦᢉ ᠵᠡᠷᢉᠡ ᠒᠕ ᠪᠠᠶᠢᠭᠤᠯᠤᠯᠭ᠎ᠠ ᠶ᠋ᠢᠨ ᠲᠥᠯᠦᢉᠡᠯᠡᠯ᠂ ᠠᠯᠪᠠᠨ ᠬᠠᠭᠠᠭᠴᠢᠳ ᠣᠷᠤᠯᠴᠠᠵᠤ ᠲᠥᠷᠦ᠂ ᠨᠡᠶᠢᠲᠡ ᠶ᠋ᠢᠨ ᠠᠰᠢᠭ ᠰᠣᠨᠢᠷᠬᠠᠯ ᠳ᠋ᠤ ᠤᠴᠠᠷᠠᠭᠰᠠᠨ ᠬᠣᢈᠢᠷᠠᠯ ᠤ᠋ᠨ ᠨᠥᢈᠦᠨ ᠲᠥᠯᠦᠪᠦᠷᠢ ᠲᠡᠢ ᢈᠡᠷᠡᢉ ᠮᠠᠷᠭᠤᠭᠠᠨ ᠢ᠋ ᠰᠢᠢᠳᠪᠦᠷᠢᠯᠡᢈᠦ ᠳ᠋ᠦ ᠠᠩᠬᠠᠷᠬᠤ ᠠᠰᠠᠭᠤᠳᠠᠯ᠂ ᠲᠥᠷᠦ ᠶ᠋ᠢᠨ ᠪᠠᠶᠢᠭᠤᠯᠤᠯᠭ᠎ᠠ ᠨᠤᠭᠤᠳ ᠤ᠋ᠨ ᠬᠠᠮᠲᠤ ᠶ᠋ᠢᠨ ᠠᠵᠢᠯᠯᠠᠭ᠎ᠠ᠂ ᠤᠶᠠᠯᠳᠤᠭ᠎ᠠ ᠬᠣᠯᠪᠤᠭ᠎ᠠ ᠶ᠋ᠢ ᠰᠠᠶᠢᠵᠢᠷᠠᠭᠤᠯᠬᠤ ᠴᠢᢉᠯᠡᠯ ᠢ᠋ᠶᠡᠷ ᠰᠠᠨᠠᠯ ᠰᠣᠯᠢᠯᠴᠠᠵᠤ᠂ ᠴᠠᠭᠠᠰᠢᠳᠠ ᢈᠡᠷᠡᢉᠵᠢᢉᠦᠯᢈᠦ ᠠᠵᠢᠯ᠂ ᠠᠷᠭ᠎ᠠ ᢈᠡᠮᠵᠢᠶᠡᠨ ᠦ᠋ ᠲᠠᠯᠠᠭᠠᠷ ᢈᠡᠯᠡᠯᠴᠡᠯ᠎ᠡ᠃  ᠵᠠᠮ ᠤ᠋ᠨ-ᠡᢉᠦᠳᠡ ᠰᠤᠮᠤ ᠳ᠋ᠠᢈᠢ ᠰᠤᠮᠤ ᠳᠤᠮᠳᠠ ᠶ᠋ᠢᠨ ᠫᠷᠣᠻᠦ᠋ᠷᠣᠷ ᠤ᠋ᠨ ᠭᠠᠵᠠᠷ ᠠ᠋ᠴᠠ ᠒᠐᠒᠓ ᠣᠨ ᠳ᠋ᠤ ᠲᠥᠷᠦ᠂ᠨᠡᠶᠢᠲᠡ ᠶ᠋ᠢᠨ ᠠᠰᠢᠭ ᠰᠣᠨᠢᠷᠬᠠᠯ ᠢ᠋ ᠬᠠᠮᠠᠭᠠᠯᠠᠬᠤ ᠪᠠᠷ ᠑᠗ ᠢᠷᢉᠡᠨ ᠦ᠋ ᢈᠡᠷᠡᢉ ᢈᠢᠨᠠᠨ ᠰᠢᠢᠳᠪᠦᠷᠢᠯᠡᢈᠦ ᠠᠵᠢᠯᠯᠠᠭᠠᠨ ᠳ᠋ᠤ ᠣᠷᠤᠯᠴᠠᠵᠤ᠂ ᠖᠘᠂ ᠑ ᠰᠠᠶ᠋ᠢ ᠲᠥᢉᠦᠷᠢᢉ ᠢ᠋ ᠲᠥᠰᠦᠪ ᠲᠦ ᠲᠥᠪᠯᠡᠷᠡᢉᠦᠯᢈᠦ ᠪᠡᠷ ᠰᠢᠢᠳᠪᠦᠷᠢᠯᠡᢉᠦᠯᠦᢉᠰᠡᠨ ᠪᠣᠯ ᠒᠐᠒᠔ ᠣᠨ ᠳ᠋ᠤ ᠲᠥᠷᠦ᠂ ᠨᠡᠶᠢᠲᠡ ᠶ᠋ᠢᠨ ᠠᠰᠢᠭ ᠰᠣᠨᠢᠷᠬᠠᠯ ᠳ᠋ᠤ ᠤᠴᠠᠷᠠᠭᠰᠠᠨ ᠑᠒᠗᠂᠑ ᠰᠠᠶ᠋ᠢ ᠲᠥᢉᠦᠷᠢᢉ ᠦ᠋ᠨ ᠬᠣᢈᠢᠷᠠᠯ ᠢ᠋ ᠨᠥᢈᠦᠨ ᠲᠥᠯᠦᢉᠦᠯᢈᠦ ᠠᠷᠭ᠎ᠠ ᢈᠡᠮᠵᠢᠶ᠎ᠡ ᠠᠪᠴᠤ ᠠᠵᠢᠯᠯᠠᠭᠰᠠᠨ ᠪᠠᠶᠢᠨ᠎ᠠ᠃