MN
Хаах
MN

ᢈᠦᠮᠦᠨ ᠦ᠋ ᠡᠷᢈᠡ ᠶ᠋ᠢ ᠵᠥᠷᠢᠴᠡᢈᠦ ᠦᢉᠡᠢ ᠪᠠᠶᠢᠬᠤ ᠳ᠋ᠤ ᠠᠩᠬᠠᠷᠬᠤ ᠲᠠᠯᠠᠭᠠᠷ ᠮᠡᠳᠡᢉᠡᠯᠡᠯ ᠥᠷᠯᠦᢉᠡ

A- A A+
ᢈᠦᠮᠦᠨ ᠦ᠋ ᠡᠷᢈᠡ ᠶ᠋ᠢ ᠵᠥᠷᠢᠴᠡᢈᠦ ᠦᢉᠡᠢ ᠪᠠᠶᠢᠬᠤ ᠳ᠋ᠤ ᠠᠩᠬᠠᠷᠬᠤ ᠲᠠᠯᠠᠭᠠᠷ ᠮᠡᠳᠡᢉᠡᠯᠡᠯ ᠥᠷᠯᠦᢉᠡ

ᠬᠣᠪᠳᠤ ᠠᠶᠢᠮᠠᠭ ᠤ᠋ᠨ ᠪᠤᠯᠠᠭᠠᠨ ᠰᠤᠮᠤ ᠳ᠋ᠠᢈᠢ ᠰᠤᠮᠤ ᠳᠤᠮᠳᠠ ᠶ᠋ᠢᠨ ᠫᠷᠣᠻᠦ᠋ᠷᠣᠷ ᠤ᠋ᠨ ᠭᠠᠵᠠᠷ ᠠ᠋ᠴᠠ ᠵᠥᠷᠢᠴᠡᠯ ᠰᠢᠯᠭᠠᠨ ᠰᠢᠢᠳᠪᠦᠷᠢᠯᠡᢈᠦ ᠠᠵᠢᠯᠯᠠᠭ᠎ᠠ ᠶᠠᠪᠤᠭᠤᠯᠬᠤ ᠡᠷᢈᠡ ᠪᠦᢈᠦᠢ ᠪᠠᠶᠢᠭᠤᠯᠤᠯᠭ᠎ᠠ ᠳ᠋ᠤ ᠰᠢᠨ᠎ᠡ ᠪᠡᠷ ᠲᠣᠮᠢᠯᠠᠭᠳᠠᠭᠰᠠᠨ ᠠᠯᠪᠠ ᠬᠠᠭᠠᠭᠴᠢᠳ ᠲᠤ “ᠵᠥᠷᠢᠴᠡᠯ ᠰᠢᠯᠭᠠᠨ ᠰᠢᠶᠢᠳᠪᠦᠷᠢᠯᠡᢈᠦ ᠠᠵᠢᠯᠯᠠᠭ᠎ᠠ ᠶᠠᠪᠤᠭᠤᠯᠬᠤ ᠵᠢᠷᠤᠮ”᠂ᠤ‍᠂ ᠹ‍᠂᠂ “ᠡᠷᢈᠡ ᢈᠢᠵᠠᠭᠠᠷᠯᠠᠬᠤ ᠠᠷᠭ᠎ᠠ ᢈᠡᠮᠵᠢᠶ᠎ᠡ ᠠᠪᠬᠤ ᠵᠢᠷᠤᠮ”᠂ᠹ᠂ “ᠵᠥᠷᠢᠴᠡᠯ ᠰᠢᠯᠭᠠᠨ ᠰᠢᠶᠢᠳᠪᠦᠷᠢᠯᠡᢈᠦ ᠠᠵᠢᠯᠯᠠᠭ᠎ᠠ ᠶᠠᠪᠤᠭᠤᠯᠬᠤ ᠦᠨᠳᠦᠰᠦᠯᠡᠯ᠂ ᠵᠢᠷᠤᠮ”᠂ᠹ᠂ “ᠰᠢᠳᢈᠡᠯ ᠣᠨᠤᠭᠳᠠᠭᠤᠯᠬᠤ ᠦᠨᠳᠦᠰᠦᠯᠡᠯ᠂ ᠠᠩᠬᠠᠷᠬᠤ ᠠᠰᠠᠭᠤᠳᠠᠯ” ᠰᠡᠳᠦᠪ ᠢ᠋ᠶᠡᠷ ᠰᠤᠷᠭᠠᠯᠲᠠ ᠵᠣᢈᠢᠶᠠᠨ ᠪᠠᠶᠢᠭᠤᠯᠤᠯ᠎ᠠ᠃

ᠰᠤᠷᠭᠠᠯᠲᠠ ᠳ᠋ᠤ ᠬᠣᠪᠳᠤ ᠠᠶᠢᠮᠠᠭ ᠤ᠋ᠨ ᠴᠠᠭᠳᠠᠭ᠎ᠠ ᠶ᠋ᠢᠨ ᠭᠠᠵᠠᠷ ᠤ᠋ᠨ ᠪᠤᠯᠠᠭᠠᠨ ᠰᠤᠮᠤ ᠶ᠋ᠢᠨ ᠰᠤᠮᠤ ᠳᠤᠮᠳᠠ ᠶ᠋ᠢᠨ ᠴᠠᠭᠳᠠᠭ᠎ᠠ ᠶ᠋ᠢᠨ ᢈᠡᠯᠲᠡᠰ᠂ ᠭᠠᠶᠢᠯᠢ ᠶ᠋ᠢᠨ ᠭᠠᠵᠠᠷ᠂ ᢈᠢᠯᠢ ᠶ᠋ᠢᠨ ᠴᠡᠷᠢᢉ ᠦ᠋ᠨ ᠐᠑᠓᠐ ᠳ᠋ᠤᠭᠠᠷ ᠠᠩᢉᠢ᠂ “ᠮᠢᠩᠭᠠᠨ ᠤᠭᠠᠯᠵᠠᠲᠤ” ᠪᠣᠯᠤᠨ ᠮᠥᠩᢈᠡᠬᠠᠶᠢᠷᠬᠠᠨ ᠤ᠋ ᠪᠠᠶᠢᠭᠠᠯᠢ ᠶ᠋ᠢᠨ ᠴᠣᠭᠴᠠᠯᠠᠪᠤᠷᠢ ᠳ᠋ᠤ ᠭᠠᠵᠠᠷ ᠤ᠋ᠨ ᠬᠠᠮᠠᠭᠠᠯᠠᠯᠲᠠ ᠶ᠋ᠢᠨ ᠵᠠᢈᠢᠷᠭ᠎ᠠ᠂ᠲᠠᠲᠠᠪᠤᠷᠢ᠂ ᠨᠡᠶᠢᢉᠡᠮ ᠦ᠋ᠨ ᠳᠠᠭᠠᠳᠬᠠᠯ ᠤ᠋ᠨ ᢈᠡᠯᠲᠡᠰ ᠦ᠋ᠨ ᠤᠯᠤᠰ ᠤ᠋ᠨ ᠪᠠᠶᠢᠴᠠᠭᠠᠭᠴᠢ ᠵᠡᠷᢉᠡ ᠗ ᠪᠠᠶᠢᠭᠤᠯᠤᠯᠭ᠎ᠠ ᠶ᠋ᠢᠨ ᠓᠔ ᠠᠯᠪᠠᠨ ᠲᠤᠰᠢᠶᠠᠯᠲᠠᠨ ᠣᠷᠤᠯᠴᠠᠵᠡᠢ᠃

ᠰᠤᠷᠭᠠᠯᠲᠠ ᠪᠠᠷ ᠡᠷᢈᠡ ᠪᠦᢈᠦᠢ ᠠᠯᠪᠠ ᠬᠠᠭᠠᠭᠴᠢᠳ ᠵᠥᠷᠢᠴᠡᠯ ᠰᠢᠯᠭᠠᠨ ᠰᠢᠢᠳᠪᠦᠷᠢᠯᠡᢈᠦ ᠳ᠋ᠦ ᠪᠡᠨ ᠵᠥᠷᠢᠴᠡᠯ ᠦ᠋ᠨ ᠬᠠᠤᠯᠢ ᠲᠣᠭᠲᠠᠭᠠᠮᠵᠢ ᠶ᠋ᠢ ᠨᠢᢉᠡ ᠮᠥᠷ ᢈᠡᠷᠡᢉᠵᠢᢉᠦᠯᠵᠦ᠂ ᠬᠠᠤᠯᠢ ᠳ᠋ᠤ ᠵᠢᠭᠠᠭᠰᠠᠨ ᠦᠨᠳᠦᠰᠦᠯᠡᠯ ᠵᠢᠷᠤᠮ ᠤ᠋ᠨ ᠳᠠᠭᠠᠭᠤ ᠦᠢᠯᠡ ᠠᠵᠢᠯᠯᠠᠭ᠎ᠠ ᠶᠠᠪᠤᠭᠤᠯᠬᠤ᠂ ᢈᠦᠮᠦᠨ᠂ ᠬᠠᠤᠯᠢ ᠶ᠋ᠢᠨ ᠡᠲᠡᢉᠡᠳ ᠦ᠋ᠨ ᠡᠷᢈᠡ ᠶ᠋ᠢ ᠵᠥᠷᠢᠴᠡᢈᠦ ᠦᢉᠡᠢ ᠪᠠᠶᠢᠬᠤ ᠳ᠋ᠤ ᠣᠨᠴᠤᠭᠤᠶᠢᠯᠠᠨ ᠠᠩᠬᠠᠷᠴᠤ ᠠᠵᠢᠯᠯᠠᠬᠤ ᠲᠠᠯᠠᠭᠠᠷ ᠮᠡᠳᠡᢉᠡᠯᠡᠯ ᠥᢉᠴᠦ᠂ ᠰᠣᠨᠢᠷᠬᠠᠭᠰᠠᠨ ᠠᠰᠠᠭᠤᠳᠠᠯ ᠢ᠋ᠶᠠᠷ ᠬᠠᠷᠢᠭᠤᠯᠲᠠ ᠥᢉᠴᠡᠢ᠃